ᠳᠤᠮᠳᠠᠳᠤ ᠤᠯᠤᠰ ᠤᠨ ᠣᠭᠲᠠᠷᠭᠤᠢ ᠶᠢᠨ | ᠦᠷᠳᠡᠭᠡ ᠶᠢᠨ ᠲᠢᠶᠠᠠ ᠡᡁᠧ ᠭᠤᠣᠯ ᠦᠷᠦᠬᠡ ᠶᠢ | ᠬᠠᠷᠪᠤᠬᠤ ᠡᠭᠦᠷᠭᠡ ᠠᠮᠵᠢᠯᠲᠠ ᠲᠠᠢ | ᠶᠠᠪᠤᠭᠳᠠᠪᠠ ᠰᠢ ᠶᠢᠨ ᠫᠢᠩ ᠨᠠᠮ ᠤᠨ ᠲᠥᠪ | ᠬᠤᠷᠢᠶᠠ ᠳᠦᠷᠦ ᠶᠢᠨ ᠶᠠᠪᠤᠳᠠᠯ ᠤᠨ ᠬᠤᠷᠢᠶᠠ | ᠪᠣᠯᠤᠨ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠡᠮᠦᠨᠡ ᠠᠴᠠ ᠴᠠᠬᠢᠯᠭᠠᠨ | ᠴᠢᠮᠡᠭᠡ ᠶᠠᠪᠤᠭᠤᠯᠵᠦ ᠪᠠᠶᠠᠷ ᠬᠦᠷᠭᠡᠵᠠᠢ ᠯᠢ | ᠺᠧ ᠴᠢᠶᠠᠩ ᠸᠠᠩ ᠬᠤ᠋ ᠨᠢᠩ ᠪᠡᠭᠡᠵᠢᠩ ᠳᠤ | ᠬᠠᠷᠪᠤᠯᠳᠠ ᠶᠢᠨ ᠪᠤᠳᠠᠳᠤ ᠪᠠᠶᠢᠳᠠᠯ ᠢ | ᠦᠵᠡᠵᠠᠢ
| ᠰᠢᠨᠬᠤᠸᠠ ᠬᠤᠷᠢᠶᠠᠨ ᠤ ᠪᠡᠭᠡᠵᠢᠩ ᠤᠨ 4 | ᠰᠠᠷᠠ ᠶᠢᠨ 29 ᠤ ᠴᠠᠬᠢᠯᠭᠠᠨ ᠮᠡᠳᠡᠭᠡ 4 | ᠰᠠᠷᠠ ᠶᠢᠨ 29 ᠤ ᠡᠳᠦᠷ ᠤᠨ 11 ᠴᠠᠭ 23 | ᠮᠢᠨᠦ᠋ᠲ ᠲᠤ᠂ ᠳᠤᠮᠳᠠᠳᠤ ᠤᠯᠤᠰ ᠤᠨ | ᠣᠭᠲᠠᠷᠭᠤᠢ ᠶᠢᠨ ᠦᠷᠳᠡᠭᠡ ᠶᠢᠨ ᠲᠢᠶᠠᠠ ᠡᡁᠧ | ᠭᠤᠣᠯ ᠦᠷᠦᠬᠡ ᠶᠢ ᠣᠭᠲᠠᠷᠭᠤᠢ ᠳᠤ ᠬᠠᠷᠪᠤᠵᠤ | ᠭᠠᠷᠭᠠᠨ᠂ ᠵᠢᠱᠢᠭᠰᠡᠨ ᠲᠣᠭᠤᠷᠢᠯᠲᠠ ᠶᠢᠨ | ᠵᠠᠮ ᠳᠤ ᠣᠨᠣᠪᠴᠢᠲᠠᠢ ᠣᠷᠣᠵᠤ᠂ | ᠬᠠᠷᠪᠤᠯᠳᠠ ᠶᠢᠨ ᠡᠭᠦᠷᠭᠡ ᠶᠢ ᠠᠮᠵᠢᠯᠲᠠ ᠲᠠᠢ | ᠪᠡᠶᠡᠯᠡᠭᠦᠯᠵᠠᠢ᠃ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ | ᠨᠠᠮ ᠤᠨ ᠲᠥᠪ ᠬᠤᠷᠢᠶᠠ᠂ ᠲᠦᠷᠦ ᠶᠢᠨ | ᠶᠠᠪᠤᠳᠠᠯ ᠤᠨ ᠬᠤᠷᠢᠶᠠ ᠪᠣᠯᠤᠨ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ | ᠡᠮᠦᠨᠡ ᠠᠴᠠ ᠬᠥᠮᠦᠨ ᠰᠠᠭᠤᠯᠭᠠᠭᠰᠠᠨ | ᠰᠠᠨᠰᠠᠷ ᠤᠨ ᠠᠶᠠᠯᠠᠯ ᠤᠨ ᠢᠨᠵᠧᠨᠧᠷᠢᠩ ᠤᠨ | ᠣᠭᠲᠠᠷᠭᠤᠢ ᠶᠢᠨ ᠦᠷᠳᠡᠭᠡ ᠶᠢᠨ ᠱᠠᠳᠤᠴᠢ | ᠴᠢᠨᠠᠷᠲᠠᠢ ᠨᠢᠰᠦᠯᠲᠡ ᠶᠢᠨ ᠡᠭᠦᠷᠭᠡ ᠶᠢᠨ | ᠶᠡᠷᠦᠩᠬᠡᠢ ᠵᠢᠯᠣᠭᠤᠳᠬᠤ ᠭᠠᠵᠠᠷ ᠬᠢᠭᠡᠳ ᠲᠢᠶᠠᠨ | ᠾᠧ ᠭᠤᠣᠯ ᠦᠷᠦᠬᠡ ᠶᠢᠨ ᠬᠠᠷᠪᠤᠯᠲᠠ ᠶᠢᠨ | ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ | ᠣᠷᠣᠯᠴᠠᠭᠰᠠᠨ ᠡᠯᠡ ᠪᠠᠶᠢᠭᠤᠯᠭᠠ ᠨᠢᠭᠡᠴᠢ | ᠪᠣᠯᠤᠨ ᠪᠦᠬᠦ ᠨᠥᠬᠦᠳ ᠲᠤ ᠬᠠᠯᠠᠭᠤᠨ ᠪᠠᠶᠠᠷ | ᠬᠦᠷᠭᠡᠵᠦ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠵᠠᠢ᠃ ᠰᠢ ᠶᠢᠨ ᠫᠢᠩ ᠪᠠᠶᠠᠷ ᠤᠨ | ᠴᠠᠬᠢᠯᠭᠠᠨ ᠴᠢᠮᠡᠭᠡ ᠳᠡᠭᠡᠨ᠂ | ᠣᠭᠲᠠᠷᠭᠤᠢ ᠶᠢᠨ ᠦᠷᠲᠡᠭᠡ ᠪᠠᠶᠢᠭᠤᠯᠬᠤ᠂ | ᠤᠯᠤᠰ ᠤᠨ ᠰᠠᠨᠰᠠᠷ ᠤᠨ ᠲᠤᠷᠰᠢᠯᠲᠠ ᠶᠢᠨ | ᠲᠠᠰᠤᠭ ᠢ ᠪᠠᠶᠢᠭᠤᠯᠤᠭᠰᠠᠨ ᠨᠢ ᠮᠠᠨ ᠤ | ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ | ᠠᠶᠠᠯᠠᠯ ᠤᠨ ᠢᠨᠵᠧᠨᠧᠷᠢᠩ ᠤᠨ ︽ᠭᠤᠷᠪᠠᠨ | ᠠᠯᠬᠤᠮ ᠢᠶᠠᠷ ᠶᠠᠪᠤᠬᠤ︾ ᠪᠠᠶᠢᠯᠳᠤᠬᠤ | ᠪᠤᠳᠤᠯᠭᠠ ᠶᠢ ᠪᠡᠶᠡᠯᠡᠭᠦᠯᠬᠦ ᠶᠢᠨ ᠴᠢᠬᠤᠯᠠ | ᠬᠠᠷᠠᠯᠲᠠ ᠮᠥᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠷᠬᠡᠭ ᠤᠯᠤᠰ᠂ | ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠶᠢᠨ ᠴᠢᠬᠤᠯᠠ | ᠳᠠᠭᠠᠭᠤᠯᠬᠤ ᠴᠢᠨᠠᠷᠲᠠᠢ ᠢᠨᠵᠧᠨᠧᠷᠢᠩ ᠮᠥᠨ᠃ | ᠲᠢᠶᠠᠨ ᠾᠧ ᠭᠤᠣᠯ ᠦᠷᠦᠬᠡ ᠶᠢ ᠠᠮᠵᠢᠯᠲᠠ ᠲᠠᠢ | ᠬᠠᠷᠪᠤᠭᠰᠠᠨ ᠨᠢ ᠮᠠᠨ ᠤ ᠤᠯᠤᠰ ᠤᠨ | ᠣᠭᠲᠠᠷᠭᠤᠢ ᠶᠢᠨ ᠦᠷᠳᠡᠭᠡ ᠶᠢᠨ ᠪᠦᠳᠦᠬᠡᠨ | ᠪᠠᠶᠢᠭᠤᠯᠤᠯᠲᠠ ᠪᠦᠬᠦ ᠲᠠᠯᠠ ᠪᠠᠷ | ᠬᠡᠷᠡᠭᠵᠢᠭᠦᠯᠬᠦ ᠱᠠᠲᠤᠨ ᠳᠤ ᠤᠷᠤᠬᠰᠠᠨ ᠢ | ᠬᠠᠷᠠᠭᠤᠯᠵᠤ᠂ ᠲᠠᠷᠠᠭᠠᠴᠢ ᠶᠢᠨ ᠡᠭᠦᠷᠭᠡ ᠶᠢ | ᠥᠷᠨᠢᠭᠦᠯᠬᠦ ᠳᠤ ᠪᠠᠲᠤ ᠪᠠᠬᠢ ᠰᠠᠭᠤᠷᠢ | ᠲᠠᠯᠪᠢᠵᠦ ᠦᠭᠭᠦᠭᠰᠡᠨ ᠪᠠᠶᠢᠨᠠ᠃ ᠲᠠ ᠨᠠᠷ ᠤᠨ | ︽ᠬᠤᠶᠠᠷ ᠪᠥᠮᠪᠦᠭᠡ ᠨᠢᠭᠡ ᠤᠳᠤᠨ︾ ᠤ ᠵᠣᠷᠢᠭ | ᠰᠠᠨᠠᠭᠠ ᠪᠣᠯᠤᠨ ᠬᠥᠮᠦᠨ ᠰᠠᠭᠤᠯᠭᠠᠭᠰᠠᠨ | ᠰᠠᠨᠰᠠᠷ ᠤᠨ ᠠᠶᠠᠯᠠᠯ ᠤᠨ ᠵᠣᠷᠢᠭ | ᠰᠠᠨᠠᠭᠠ ᠶᠢ ᠶᠡᠭᠡ ᠪᠠᠷ ᠪᠠᠳᠠᠷᠠᠭᠤᠯᠤᠨ᠂ | ᠪᠡᠶᠡ ᠪᠠᠨ ᠳᠠᠭᠠᠭᠠᠨ ᠬᠦᠴᠦᠷᠬᠡᠭᠵᠢᠵᠦ᠂ | ᠰᠢᠨᠡ ᠶᠢ ᠡᠭᠦᠳᠴᠤ ᠳᠠᠪᠠᠨ ᠲᠤᠭᠤᠯᠵᠤ᠂ | ᠣᠭᠲᠠᠷᠭᠤᠢ ᠶᠢᠨ ᠦᠷᠲᠡᠭᠡ ᠪᠠᠶᠢᠭᠤᠯᠬᠤ | ᠡᠭᠦᠷᠭᠡ ᠶᠢᠨ ᠪᠦᠬᠦ ᠲᠠᠯᠠ ᠶᠢᠨ ᠢᠯᠠᠯᠲᠠ ᠶᠢ | ᠣᠯᠵᠤ᠂ ᠨᠡᠶᠢᠭᠡᠮ ᠵᠢᠷᠤᠮᠲᠦ ᠣᠳᠣᠬᠢᠴᠢᠯᠠᠭᠰᠠᠨ | ᠤᠯᠤᠰ ᠢ ᠪᠦᠬᠦ ᠲᠠᠯᠠ ᠪᠠᠷ ᠪᠦᠲᠦᠭᠡᠡ | ᠪᠠᠶᠢᠭᠤᠯᠬᠤ ᠳᠤ ᠨᠡᠩ ᠶᠡᠭᠡ ᠰᠢᠨᠡ ᠬᠤᠪᠢ | ᠨᠡᠮᠡᠷᠢ ᠦᠵᠡᠭᠦᠯᠬᠦ ᠶᠢ ᠬᠦᠰᠡᠵᠦ ᠪᠠᠶᠢᠨᠠ | ᠭᠡᠵᠦ ᠵᠢᠭᠠᠵᠤ ᠭᠠᠷᠭᠠᠪᠠ︕ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠺᠧ ᠴᠢᠶᠠᠩ᠂ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠪ ᠤᠨ ᠱᠦᠵᠢ | ᠨᠡᠷ ᠤᠨ ᠭᠠᠵᠠᠷ ᠤᠨ ᠱᠦᠵᠢ ᠸᠠᠩ ᠬᠤ᠋ ᠨᠢᠩ | ᠪᠡᠭᠡᠵᠢᠩ ᠤᠨ ᠰᠠᠨᠰᠠᠷ ᠤᠨ ᠠᠶᠠᠯᠠᠯ ᠤᠨ | ᠨᠢᠰᠦᠯᠲᠡ ᠶᠢ ᠡᠵᠡᠮᠳᠡᠬᠦ ᠲᠥᠪ ᠲᠤ | ᠬᠠᠷᠪᠤᠯᠲᠠ ᠶᠢᠨ ᠪᠣᠳᠠᠲᠤ ᠪᠠᠶᠢᠳᠠᠯ ᠢ | ᠦᠵᠡᠵᠠᠢ᠃ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠳᠡᠳ᠋ | ᠲᠡᠷᠢᠭᠦᠯᠡᠭᠴᠢ ᠵᠠᠩ ᠶᠢᠦ ᠰᠢᠶᠠ ᠬᠠᠶᠢᠨᠠᠨ ᠤ | ᠸᠧᠨᠴᠠᠩ ᠰᠠᠨᠰᠠᠷ ᠤᠨ ᠠᠶᠠᠯᠠᠯ ᠤᠨ | ᠬᠠᠷᠪᠤᠯᠲᠠ ᠶᠢᠨ ᠲᠠᠯᠠᠪᠠᠢ ᠳᠤ ᠰᠢ ᠶᠢᠨ | ᠫᠢᠩ ᠤᠨ ᠪᠠᠶᠠᠷ ᠤᠨ ᠴᠠᠬᠢᠯᠭᠠᠨ ᠴᠢᠮᠡᠭᠡ ᠶᠢ | ᠤᠩᠰᠢᠨ ᠨᠡᠶᠢᠲᠡᠯᠡᠪᠡ᠃ ᠯᠢᠦ ᠾᠧ᠂ ᠰᠢᠤᠢ ᠴᠢ | ᠯᠢᠶᠠᠩ᠂ ᠰᠢᠶᠤᠤ ᠵᠢᠶᠧ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠭᠡᠰᠢᠭᠦᠨ ᠯᠢ ᠽᠦᠸᠧ | ᠴᠧᠩ᠂ ᠮᠢᠶᠣᠣ ᠬᠤᠸᠠ᠂ ᠵᠠᠩ ᠱᠧᠩ ᠮᠢᠨ | ᠪᠡᠭᠡᠵᠢᠩ ᠤᠨ ᠰᠠᠨᠰᠠᠷ ᠤᠨ ᠠᠶᠠᠯᠠᠯ ᠤᠨ | ᠨᠢᠰᠦᠯᠲᠡ ᠶᠢ ᠡᠵᠡᠮᠳᠡᠬᠦ ᠲᠥᠪ ᠲᠤ | ᠬᠠᠷᠪᠤᠯᠲᠠ ᠶᠢ ᠦᠵᠡᠵᠠᠢ᠃ ᠳᠤᠮᠳᠠᠳᠤ ᠤᠯᠤᠰ ᠤᠨ | ᠣᠭᠲᠠᠷᠭᠤᠢ ᠶᠢᠨ ᠦᠷᠲᠡᠭᠡ ᠪᠣᠯ ᠳᠤᠮᠳᠠᠳᠤ | ᠤᠯᠤᠰ ᠤᠨ ᠪᠡᠶᠡ ᠪᠠᠨ ᠳᠠᠭᠠᠭᠠᠵᠤ | ᠪᠠᠶᠢᠭᠤᠯᠵᠤ ᠡᠵᠡᠩᠨᠡᠬᠦ ᠬᠥᠮᠦᠨ | ᠰᠠᠭᠤᠯᠭᠠᠭᠰᠠᠨ ᠣᠭᠲᠠᠷᠭᠤᠢ ᠶᠢᠨ ᠦᠷᠲᠡᠭᠡ | ᠪᠣᠯᠤᠨᠠ᠂ ᠲᠢᠶᠠᠨ ᠾᠧ ᠭᠤᠣᠯ ᠦᠷᠦᠭᠡ᠂ ᠸᠧᠨ | ᠲᠢᠶᠠᠨ ᠲᠤᠷᠰᠢᠯᠲᠠ ᠶᠢᠨ ᠦᠷᠦᠭᠡ᠂ ᠮᠧᠩ ᠲᠢᠶᠠᠨ | ᠲᠤᠷᠰᠢᠯᠲᠠ ᠶᠢᠨ ᠦᠷᠦᠭᠡ ᠵᠡᠷᠭᠡ ᠭᠤᠷᠪᠠᠨ | ᠦᠷᠦᠭᠡ ᠪᠠᠷ ᠪᠦᠷᠢᠯᠳᠦᠵᠡᠢ᠃ ᠲᠢᠶᠠᠨ ᠾᠧ ᠭᠤᠤᠯ | ᠥᠷᠥᠭᠡ ᠪᠣᠯ ᠣᠭᠲᠠᠷᠭᠤᠶ ᠶᠢᠨ ᠥᠷᠲᠡᠭᠡ ᠶᠢᠨ | ᠬᠠᠮᠢᠶᠠᠷᠤᠯᠲᠠ ᠪᠠ ᠡᠵᠡᠮᠳᠡᠬᠦ ᠲᠥᠪ ᠪᠠᠶᠢᠵᠤ᠂ | ᠲᠣᠭᠤᠷᠢᠯᠲᠠ ᠶᠢᠨ ᠵᠠᠮ ᠳᠤ ᠣᠷᠣᠭᠤᠯᠤᠭᠰᠠᠨ | ᠣᠭᠲᠠᠷᠭᠤᠶ ᠶᠢᠨ ᠥᠷᠲᠡᠭᠡ ᠶᠢᠨ ᠠᠩᠬᠠᠨ ᠤ | ᠦᠷᠦᠭᠡ ᠪᠣᠯᠤᠨᠠ᠃ ᠡᠭᠦᠷᠭᠡ ᠶᠢᠨ | ᠲᠣᠬᠢᠷᠠᠭᠤᠯᠤᠯᠲᠠ ᠶᠢ ᠦᠨᠳᠦᠰᠦᠯᠡᠪᠡᠯ᠂ | ᠤᠭᠲᠠᠷᠭᠤᠢ ᠶᠢᠨ ᠥᠷᠲᠡᠭᠡ ᠶᠢ 2022 ᠣᠨ ᠳᠤ | ᠲᠣᠭᠤᠷᠢᠯᠲᠠ ᠶᠢᠨ ᠵᠠᠮ ᠳᠡᠭᠡᠷᠡ ᠪᠠᠶᠢᠭᠤᠯᠵᠤ | ᠳᠠᠭᠤᠰᠬᠠᠨ᠂ ᠭᠠᠵᠠᠷ ᠤᠨ ᠪᠥᠮᠪᠥᠷᠴᠡᠭ ᠠᠴᠠ | ᠣᠶᠢᠷᠠ ᠣᠭᠲᠠᠷᠭᠤᠶ ᠳᠤ ᠬᠦᠮᠦᠨ ᠤ | ᠤᠷᠤᠯᠴᠠᠯᠭᠠ ᠲᠠᠢ ᠰᠢᠨᠵᠢᠯᠡᠬᠦ ᠤᠬᠠᠭᠠᠨ ᠤ | ᠲᠤᠷᠰᠢᠯᠲᠠ᠂ ᠮᠡᠷᠭᠡᠵᠢᠯ ᠤᠨ ᠲᠤᠷᠰᠢᠯᠲᠠ ᠶᠢ | ᠣᠷᠳᠣ ᠬᠤᠭᠤᠴᠠᠭᠠ ᠪᠠᠷ ᠥᠷᠨᠢᠭᠦᠯᠬᠦ ᠪᠠ | ᠰᠠᠨᠰᠠᠷ ᠤᠨ ᠡᠬᠢ ᠪᠠᠶᠠᠯᠢᠭ ᠢ | ᠶᠡᠷᠦᠩᠬᠡᠶᠢᠯᠡᠨ ᠨᠡᠭᠡᠭᠡᠨ ᠠᠰᠢᠠᠠᠯᠠᠬᠤ | ᠴᠢᠳᠠᠪᠤᠷᠢ ᠶᠢ ᠪᠦᠷᠢᠳᠦᠭᠦᠯᠵᠤ᠂ ᠬᠡᠷᠡᠭᠯᠡᠭᠡ | ᠪᠠ ᠬᠥᠭᠵᠢᠯᠲᠡ ᠶᠢᠨ ᠱᠠᠲᠤᠨ ᠳᠤ ᠰᠢᠯᠵᠢᠬᠦ | ᠪᠤᠯᠤᠨᠠ᠃ | | | | | | | | | | | | | | | | | | | | |